home
home

    ᠦᠨᠳᠤᠰᠤᠳᠡᠨ ᠤ ᠰᠤᠶᠤᠯ ᠢᠶᠠᠨ ᠦᠪᠯᠡᠨ ᠤᠯᠠᠮᠵᠢᠯᠠᠵᠤ ᠪᠠᠶᠢᠭ᠎ᠠ ᠰᠢᠨᠡᠬᠡᠨ ᠰᠤᠷᠭᠠᠭᠤᠯᠢ

2017-11-13  21:46

ᠰᠢᠨᠡᠬᠡᠨ ᠰᠤᠷᠭᠠᠭᠤᠯᠢ ᠰᠢᠨᠡᠬᠡᠨ ᠰᠤᠷᠭᠠᠭᠤᠯᠢ ᠪᠤᠯ 80 ᠭᠠᠷᠤᠢ ᠵᠢᠯ ᠤᠨ ᠳᠡᠤᠬᠡ ᠲᠠᠢ ᠪᠤᠷᠢᠶᠠᠳ ᠮᠤᠩᠭᠤᠯ ᠤᠨ ᠤᠨᠴᠠᠯᠢᠭ ᠢᠶᠠᠨ ᠬᠠᠳᠠᠭᠠᠯᠠᠭᠰᠠᠨ ᠦᠨᠳᠤᠰᠤᠨ ᠱᠠᠳᠤᠨ ᠤ ᠰᠤᠷᠭᠠᠭᠤᠯᠢ ᠪᠤᠯᠤᠨ᠎ᠠ᠃ ᠪᠤᠷᠢᠶᠠᠳ ᠮᠤᠩᠭᠤᠯᠴᠤᠳ ᠤᠷᠳᠤ ᠤᠳᠠᠭᠠᠨ ᠳᠡᠤᠬᠡ ᠶᠢᠨ ᠶᠠᠪᠤᠴᠠ ᠳᠤ ᠦᠪᠡᠷ ᠤᠨ ᠤᠨᠴᠠᠯᠢᠭ ᠲᠠᠢ ᠰᠤᠶᠤᠯ ᠤᠷᠠᠯᠢᠭ ᠢ ᠪᠦᠳᠦᠬᠡᠵᠤ ᠢᠷᠡᠭᠰᠡᠨ ᠪᠦᠬᠡᠳ ᠡᠨᠡᠬᠦ ᠤᠯᠠᠮᠵᠢᠯᠠᠯᠳᠤ ᠰᠤᠶᠤᠯ᠂ ᠵᠠᠩ ᠳᠠᠳᠬᠠᠯ ᠢᠶᠠᠨ ᠴᠦ ᠦᠶ᠎ᠡ ᠤᠯᠠᠷᠢᠨ ᠬᠠᠮᠠᠭᠠᠯᠠᠵᠤ ᠵᠠᠯᠭᠠᠮᠵᠢᠯᠠᠵᠤ ᠢᠷᠡᠭᠰᠡᠨ ᠪᠢᠯᠡ᠃ ᠬᠡᠳᠡᠯ᠎ᠡ ᠨᠡᠶᠢᠬᠡᠮ ᠤᠨ ᠬᠦᠭᠵᠢᠯᠳᠠ ᠶᠢ ᠳᠠᠭᠠᠯᠳᠤᠨ ᠵᠠᠯᠠᠭᠤ ᠨᠢᠬᠡᠨ ᠦᠶ᠎ᠡ ᠶᠢᠨ ᠬᠢᠨ ᠤ ᠳᠤᠮᠳᠠ ᠬᠠᠭᠤᠴᠢᠨ ᠢᠶᠠᠨ ᠬᠡᠷᠡᠭᠯᠡᠬᠦ ᠦᠬᠡᠢ ᠪᠤᠶᠤ ᠮᠠᠷᠳᠠᠬᠤ ᠦᠵᠡᠭᠳᠡᠯ ᠨᠡᠶᠢᠳᠠᠮ ᠬᠠᠷᠠᠭᠲᠠᠨ᠂ ᠡᠳᠦᠷ ᠢᠷᠡᠬᠦᠶ᠎ᠡ ᠬᠦᠨᠲᠦ ᠨᠤᠴᠢᠳᠡᠢ ᠪᠤᠯᠵᠤ᠂ ᠤᠯᠠᠮᠵᠢᠯᠠᠯᠳᠤ ᠰᠤᠶᠤᠯ ᠭᠡᠭᠡᠭᠲᠡᠬᠦ ᠬᠠᠨᠲᠤᠰᠢ ᠲᠠᠢ ᠪᠤᠯᠪᠠ᠃ ᠡᠨᠡᠬᠦ ᠪᠠᠶᠢᠳᠠᠯ ᠳᠤ ᠬᠠᠨᠲᠤᠭᠤᠯᠤᠨ ᠰᠢᠨᠡᠬᠡᠨ ᠰᠤᠷᠭᠠᠭᠤᠯᠢ ᠤᠷᠴᠢᠮ ᠤᠨ ᠵᠢᠯ ᠠᠴᠠ ᠬᠡᠤᠬᠡᠳ ᠠᠴᠠ ᠠᠳᠬᠤᠬᠤ ᠶᠢ ᠴᠢᠬᠤᠯᠠᠴᠢᠯᠠᠵᠤ ᠰᠤᠷᠭᠠᠨ ᠬᠦᠮᠦᠵᠢᠯ ᠤᠨ ᠵᠢᠭᠠᠨ ᠰᠤᠷᠭᠠᠯᠳᠠ ᠶᠢᠨ ᠠᠭᠤᠯᠭ᠎ᠠ ᠳᠠᠭᠠᠨ《ᠤᠯᠠᠮᠵᠢᠯᠠᠯᠳᠤ ᠰᠤᠶᠤᠯ ᠢᠶᠠᠨ ᠦᠪᠯᠡᠵᠦ ᠵᠠᠯᠭᠠᠮᠵᠢᠯᠠᠬᠤ 》ᠠᠭᠤᠯᠭ᠎ᠠ ᠶᠢ ᠨᠡᠮᠡᠭᠰᠡᠨ ᠪᠠᠢᠨ᠎ᠠ᠃

ᠰᠢᠨᠡᠬᠡᠨ ᠰᠤᠷᠭᠠᠭᠤᠯᠢ ᠶᠢᠨ ᠡᠪᠯᠡᠯ ᠤᠨ ᠡᠬᠦᠷ ᠠᠴᠠ ᠵᠤᠬᠢᠶᠠᠨ ᠪᠠᠶᠢᠭᠤᠯᠵᠦ ᠡᠷᠬᠢᠯᠡᠭᠰᠡᠨ ᠭᠤᠷᠪᠠᠳᠤᠭᠠᠷ ᠬᠤᠭᠤᠴᠠᠭᠠᠨ ᠤ《 ᠤᠯᠠᠮᠵᠢᠯᠠᠯᠳᠤ ᠰᠤᠶᠤᠯ ᠢᠶᠠᠨ ᠵᠠᠯᠭᠠᠮᠵᠢᠯᠠᠨ ᠬᠦᠭᠵᠢᠬᠦᠯᠦᠶ᠎ᠡ 》ᠬᠡᠬᠦ ᠠᠵᠢᠯᠯᠠᠭ᠎ᠠ ᠲᠦᠷᠦᠭᠦᠬᠡᠨ ᠠᠮᠵᠢᠯᠲᠠ ᠲᠠᠢ ᠶᠠᠪᠤᠭᠳᠠᠭᠰᠠᠨ ᠪᠠᠢᠨ᠎ᠠ᠃ ᠳᠤᠰ ᠠᠵᠢᠯᠯᠠᠭ᠎ᠠ ᠨᠢ ᠰᠤᠷᠤᠭᠴᠢᠳ ᠤᠨ ᠠᠮᠢᠳᠤᠷᠠᠯ ᠦᠢᠯᠡᠳᠦᠯᠬᠡ ᠠᠴᠠ ᠵᠠᠶᠢᠲᠠᠨ ᠦᠨᠳᠤᠰᠤᠳᠡᠨ ᠶᠠᠰᠤᠳᠠᠨ  ᠤ ᠪᠠᠨ ᠰᠢᠯᠢᠳᠡᠭ ᠰᠤᠶᠤᠯ ᠠᠴᠠ ᠬᠤᠯᠠᠳᠴᠤ ᠪᠠᠶᠢᠭ᠎ᠠ ᠪᠤᠳᠠᠳᠤ ᠪᠠᠶᠢᠲᠠᠯ ᠢ ᠦᠨᠳᠤᠰᠤᠯᠡᠵᠦ᠂ ᠠᠷᠠᠰᠤ ᠰᠢᠷᠢ ᠪᠤᠯᠪᠠᠰᠤᠷᠠᠭᠤᠯᠵᠤ ᠡᠳ᠋ᠯᠡᠬᠦ ᠳᠤᠬᠠᠢ ᠠᠭᠤᠯᠭ᠎ᠠ ᠶᠢ ᠰᠤᠩᠭᠤᠨ᠂ ᠤᠷᠠᠨ ᠰᠠᠶᠢᠬᠠᠨ ᠤ ᠳᠤᠭᠯᠠᠯᠳᠠ ᠲᠠᠢ ᠬᠠᠪᠰᠤᠷᠭᠠᠨ ᠰᠤᠷᠤᠭᠴᠢᠳ ᠲᠤ ᠨᠢᠳᠤᠯᠡᠨ ᠲᠠᠨᠢᠭᠤᠯᠬᠤ᠂ ᠪᠡᠶᠡᠴᠢᠯᠡᠨ ᠮᠡᠳᠡᠷᠡᠬᠦᠯᠬᠦ ᠵᠤᠷᠢᠯᠭ᠎ᠠ ᠠᠴᠠ ᠬᠡᠷ ᠤᠨ ᠠᠬᠠᠮᠠᠳ᠂ ᠪᠠᠭᠰᠢ ᠰᠤᠷᠤᠭᠴᠢ ᠬᠠᠮᠳᠤ ᠪᠠᠷ ᠬᠦᠳᠡᠯᠦᠯᠴᠡᠨ ᠤᠷᠤᠯᠴᠠᠭᠰᠠᠨ ᠪᠠᠢᠨ᠎ᠠ᠃

ᠲᠤᠰ ᠰᠤᠷᠭᠠᠭᠤᠯᠢ ᠨᠢ ᠠᠩᠭᠢ ᠨᠢᠭᠡᠴᠡ ᠶᠢᠨ ᠠᠵᠢᠯᠯᠠᠭ᠎ᠠ᠂ ᠰᠠᠮᠪᠠᠷ᠎ᠠ ᠶᠢᠨ ᠰᠤᠨᠢᠨ᠂ ᠲᠤᠰᠬᠠᠢ ᠬᠢᠴᠢᠶᠡᠯᠯᠡᠭᠡ ᠵᠡᠷᠭᠡ ᠤᠯᠠᠨ ᠵᠦᠢᠯ ᠤᠨ ᠵᠢᠭᠠᠨ ᠰᠤᠷᠭᠠᠯᠲᠠ ᠶᠢᠨ ᠠᠷᠭ᠎ᠠ ᠪᠠᠷᠢᠯ ᠢᠶᠠᠷ ᠲᠠᠮᠵᠢᠭᠤᠯᠤᠨ᠂ ᠰᠤᠷᠤᠭᠴᠢᠳ ᠲᠤ ᠪᠤᠷᠢᠶᠠᠳ ᠮᠤᠩᠭᠤᠯᠴᠤᠳ ᠤᠨ ᠬᠦᠨᠳᠦᠯᠡᠵᠦ ᠮᠡᠨᠳᠦᠯᠡᠬᠦ ᠶᠤᠰᠤ᠂ ᠠᠬᠠᠮᠠᠳ ᠲᠠᠭᠠᠨ ᠵᠤᠯᠭᠠᠬᠤ ᠶᠤᠰᠤ ᠵᠡᠷᠭᠡ ᠮᠤᠩᠭᠤᠯ ᠵᠠᠩ ᠦᠢᠯᠡ ᠪᠠ ᠮᠤᠩᠭᠤᠯ ᠭᠡᠷ᠂ ᠮᠤᠷᠢᠨ ᠤ ᠡᠳ᠋ᠯᠡᠯ ᠵᠡᠷᠭᠡ ᠮᠤᠩᠭᠤᠯ ᠤᠨᠴᠠᠯᠢᠭᠲᠤ ᠡᠳ᠋ᠯᠡᠯ ᠬᠡᠷᠡᠭᠰᠡᠯ ᠢ ᠲᠠᠨᠢᠭᠤᠯᠬᠤ ᠬᠦᠮᠦᠵᠢᠯ ᠢ ᠦᠷᠭᠦᠯᠵᠢ ᠶᠢᠨ ᠴᠢᠨᠠᠷᠲᠠᠢ ᠬᠢᠵᠦ ᠪᠤᠢ᠃ᠲᠡᠷᠡᠴᠢᠯᠡᠨ ᠲᠤᠰ ᠰᠤᠷᠭᠠᠭᠤᠯᠢ ᠨᠢ 2015 ᠤᠨ ᠠᠴᠠ ᠡᠬᠢᠯᠡᠨ ᠵᠢᠯ ᠪᠤᠯᠭᠠᠨ ᠨᠢᠭᠡ ᠬᠤᠭᠤᠴᠠᠭᠠᠨ ᠤ ᠦᠨᠳᠦᠰᠦᠳᠡᠨ ᠤ ᠦᠪ ᠰᠤᠶᠤᠯ ᠢ ᠵᠠᠯᠭᠠᠮᠵᠢᠯᠠᠬᠤ ᠠᠵᠢᠯᠯᠠᠭ᠎ᠠ ᠶᠢ ᠦᠷᠨᠢᠭᠦᠯᠵᠦ ᠪᠠᠢᠨ᠎ᠠ᠃ 2015 ᠤᠨ ᠳᠤ ᠦᠨᠳᠦᠰᠦᠳᠡᠨ ᠤ ᠨᠠᠭᠠᠳᠤᠮ ᠢᠶᠠᠷ ᠭᠤᠤᠯ ᠰᠡᠳᠦᠪ ᠪᠤᠯᠭᠠᠨ᠂ ᠮᠤᠩᠭᠤᠯ ᠰᠢᠳᠠᠷ᠎ᠠ᠂ ᠪᠦᠯᠦᠩ ᠬᠠᠷᠪᠤᠯᠭ᠎ᠠ᠂ ᠪᠦᠭᠡ ᠪᠠᠷᠢᠯᠳᠤᠬᠤ᠂ ᠱᠠᠭ᠎ᠠ ᠲᠤᠭᠯᠠᠬᠤ᠂ ᠪᠡᠭᠡᠯᠢᠭ ᠨᠢᠭᠤᠬᠤ ᠨᠠᠭᠠᠳᠤᠮ ᠵᠡᠷᠭᠡ ᠶᠢ ᠲᠠᠨᠢᠯᠴᠠᠭᠤᠯᠤᠨ ᠤᠷᠤᠯᠳᠤᠭᠤᠯᠬᠤ  ᠶᠢᠨ ᠬᠠᠮᠲᠦ᠂ ᠮᠤᠩᠭᠤᠯ ᠤᠷᠠᠨ ᠪᠢᠴᠢᠯᠭᠡ᠂ ᠮᠤᠩᠭᠤᠯ ᠵᠢᠷᠤᠭ ᠤᠨ ᠦᠵᠡᠭᠦᠯᠦᠯᠭᠡ ᠶᠢ ᠰᠤᠨᠢᠷᠬᠠᠭᠤᠯᠤᠭᠰᠠᠨ ᠪᠠᠢᠨ᠎ᠠ᠃     ᠬᠤᠶᠠᠳᠤᠭᠠᠷ ᠤᠳᠠᠭᠠᠨ ᠤ ᠠᠵᠢᠯᠯᠠᠭ᠎ᠠ ᠪᠠᠷ ᠪᠤᠷᠢᠶᠠᠳ ᠮᠤᠩᠭᠤᠯᠴᠤᠳ ᠤᠨ ᠢᠳᠡᠭᠡᠨ ᠤᠮᠳᠠᠭᠠᠨ ᠢᠶᠠᠷ ᠭᠤᠤᠯ ᠰᠡᠳᠦᠪ ᠪᠤᠯᠭᠠᠨ᠂ ᠪᠤᠷᠢᠶᠠᠳ ᠮᠤᠩᠭᠤᠯᠴᠤᠳ ᠤᠨ ᠴᠠᠭᠠᠨ ᠢᠳᠡᠭᠡᠨ ᠪᠠ ᠤᠯᠠᠭᠠᠨ ᠢᠳᠡᠭᠡᠨ ᠢ ᠲᠠᠨᠢᠯᠴᠠᠭᠤᠯᠤᠭᠰᠠᠨ ᠪᠠᠢᠨ᠎ᠠ᠃ ᠡᠭᠦᠨ ᠳᠤ᠂ ᠴᠠᠭᠠᠨ ᠢᠳᠡᠭᠡ ᠬᠢᠬᠦ ᠶᠠᠪᠤᠴᠠ ᠪᠠ ᠦᠢᠯᠡᠳᠦᠯ ᠢ ᠰᠤᠷᠤᠭᠴᠢᠳ ᠲᠤ ᠲᠠᠨᠢᠯᠴᠠᠭᠤᠯᠤᠭᠰᠠᠨ ᠢᠶᠠᠷ ᠪᠠᠷᠠᠬᠤ ᠦᠭᠡᠢ ᠤᠯᠠᠭᠠᠨ ᠢᠳᠡᠭᠡᠨ ᠨᠢ ᠮᠢᠬ᠎ᠠ ᠪᠠᠷ ᠭᠤᠤᠯ ᠪᠤᠯᠭᠠᠳᠠᠭ ᠪᠤᠯᠬᠤᠷ ᠰᠤᠷᠤᠭᠴᠢᠳ ᠲᠤ ᠪᠤᠷᠢᠶᠠᠳ ᠪᠤᠤᠵᠠ ᠬᠢᠬᠦ ᠶᠢ ᠵᠢᠭᠠᠵᠦ᠂ ᠰᠤᠷᠤᠭᠴᠢᠳ ᠢᠶᠠᠷ ᠪᠡᠶᠡᠴᠢᠯᠡᠨ ᠬᠢᠯᠭᠡᠭᠰᠡᠨ ᠶᠤᠮ᠃ ᠡᠨᠡᠬᠦ ᠠᠵᠢᠯᠯᠠᠭ᠎ᠠ ᠨᠢ ᠨᠡᠢᠭᠡᠮ ᠳᠡᠬᠡᠷ᠎ᠡ ᠨᠡᠯᠢᠶᠡᠳ ᠨᠦᠯᠦᠬᠡ ᠲᠤᠰᠬᠠᠯ ᠲᠠᠢ ᠪᠤᠯᠬᠤᠷ ᠤᠯᠠᠨ ᠬᠦᠮᠤᠰ ᠤᠨ ᠠᠩᠬᠠᠷᠤᠯ ᠢ ᠳᠠᠳᠠᠭᠰᠠᠨ ᠠᠴᠠ ᠰᠤᠷᠭᠠᠭᠤᠯᠢ ᠠᠴᠠ ᠤᠲᠠᠭ᠎ᠠ ᠪᠤᠯᠭᠠᠨ ᠤ ᠠᠵᠢᠯᠯᠠᠭ᠎ᠠ ᠶᠢ ᠬᠦᠨᠳᠤᠳᠬᠡᠨ ᠴᠢᠬᠤᠯᠠᠴᠢᠯᠠᠵᠤ᠂ ᠨᠠᠷᠢᠨ ᠨᠢᠮᠪᠡᠢ ᠪᠠᠯᠡᠳᠭᠡᠨ᠂ ᠰᠤᠷᠤᠭᠴᠢᠳ ᠲᠤ ᠤᠯᠠᠮᠵᠢᠯᠠᠯᠳᠤ ᠵᠠᠩ ᠳᠠᠳᠬᠠᠯ ᠪᠠ ᠰᠤᠶᠤᠯ ᠤᠨ ᠬᠦᠮᠦᠵᠢᠯ ᠢ ᠪᠤᠳᠠᠳᠠᠢ ᠳᠠᠨᠢᠭᠤᠯᠬᠤ ᠪᠠᠷ ᠴᠢᠷᠮᠠᠶᠢᠳᠠᠭ᠃ ᠡᠨᠡ ᠤᠳᠠᠭ᠎ᠠ ᠶᠢᠨ ᠠᠵᠢᠯᠯᠠᠭ᠎ᠠ ᠳᠤ ᠳᠤᠰ ᠰᠣᠷᠭᠠᠭᠤᠯᠢ ᠠᠴᠠ ᠳᠡᠬᠦᠰᠦᠭᠰᠡᠨ ᠤᠯᠤᠰ ᠤᠨ ᠨᠢᠬᠡᠳᠦᠬᠡᠷ ᠳᠡᠰ ᠤᠨ ᠳᠤᠭᠯᠠᠭᠴᠢ ᠴᠡᠴᠡᠭᠮ᠎ᠡ᠂ᠪᠤᠷᠢᠶᠠᠳ ᠳᠡᠤᠬᠡ ᠰᠤᠶᠤᠯ ᠤᠨ ᠰᠤᠳᠤᠯᠤᠭᠴᠢ ᠳᠤᠯᠤᠳᠤ᠂ ᠤᠷᠤᠰ ᠤᠨ ᠬᠤᠯᠪᠤᠭᠠᠨ ᠤ ᠪᠦᠭᠦᠳᠡ ᠨᠡᠶᠢᠷᠠᠮᠳᠠᠬᠤ ᠪᠤᠷᠢᠶᠠᠳ ᠤᠯᠤᠰ ᠤᠨ ᠤᠯᠤᠰ ᠤᠨ ᠶᠡᠭᠡ ᠰᠤᠷᠭᠠᠭᠤᠯᠢ ᠶᠢᠨ ᠪᠠᠭᠰᠢ ᠨᠠᠷ ᠵᠡᠷᠬᠡ ᠪᠤᠷᠢᠶᠠᠳ ᠵᠠᠩ ᠵᠠᠩᠰᠢᠯ ᠪᠠ ᠤᠯᠠᠮᠵᠢᠯᠠᠯᠳᠤ ᠰᠤᠶᠤᠯ ᠢ ᠰᠤᠳᠤᠯᠵᠤ ᠰᠤᠷᠤᠯᠴᠠᠵᠤ ᠪᠠᠶᠢᠭ᠎ᠠ ᠬᠦᠮᠤᠰ ᠬᠦᠷᠦᠯᠴᠡᠨ ᠢᠷᠡᠵᠦ ᠠᠵᠢᠯᠯᠠᠭ᠎ᠠ ᠶᠢ ᠰᠤᠨᠢᠷᠬᠠᠭᠰᠠᠨ ᠪᠠᠢᠨ᠎ᠠ᠃ ᠪᠤᠷᠢᠶᠠᠳ ᠮᠤᠩᠭᠤᠯᠴᠤᠳ ᠡᠷᠳᠡ ᠳᠡᠬᠡᠳᠤ ᠦᠶ᠎ᠡ ᠠᠴᠠ ᠨᠡᠬᠦᠳᠡᠯ ᠮᠠᠯᠵᠢᠯ ᠡᠷᠬᠢᠯᠡᠵᠦ ᠢᠷᠡᠭᠰᠡᠨ ᠪᠤᠯᠬᠤᠷ ᠠᠷᠠᠰᠤ ᠰᠢᠷᠢ ᠨᠢ ᠡᠳᠤᠷ ᠳᠤᠳᠤᠮ ᠤᠨ ᠠᠮᠢᠳᠤᠷᠠᠯ ᠳᠤ ᠳᠤᠳᠠᠭᠳᠠᠵᠤ ᠪᠤᠯᠤᠰᠢ ᠦᠭᠡᠢ ᠡᠳ᠋ᠯᠡᠯ ᠬᠡᠷᠡᠭᠰᠡᠯ ᠤᠨ ᠨᠢᠬᠡ ᠪᠤᠯᠵᠠᠢ᠃ ᠡᠳᠦᠬᠡ ᠴᠦ ᠪᠤᠷᠢᠶᠠᠳ ᠮᠤᠩᠭᠤᠯᠴᠤᠳ ᠤᠨ ᠬᠤᠪᠴᠠᠰᠣ ᠭᠤᠶᠤᠯᠠᠯ ᠳᠤ ᠠᠷᠠᠰᠤ ᠰᠢᠷᠢ ᠴᠢᠬᠤᠯᠠ ᠪᠠᠶᠢᠷᠢ ᠡᠵᠡᠯᠡᠳᠡᠭ ᠪᠦᠬᠡᠳ ᠤᠯᠠᠨ ᠲᠦᠷᠦᠯ ᠵᠦᠢᠯ ᠤᠨ ᠬᠢ ᠪᠠᠢᠳᠠᠭ᠃ ᠲᠤᠰ ᠠᠵᠢᠯᠯᠠᠭ᠎ᠠ ᠨᠢ ᠬᠡᠷ ᠤᠨ ᠠᠬᠠᠮᠠᠳ ᠠᠴᠠ ᠰᠤᠷᠤᠭᠴᠢᠳ ᠲᠤ ᠠᠷᠠᠰᠤᠨ ᠤ ᠲᠦᠷᠦᠯ ᠵᠦᠢᠯ᠂ ᠠᠷᠠᠰᠤ ᠢᠳᠡᠬᠡᠯᠡᠬᠦ ᠪᠠᠭᠠᠵᠢ ᠬᠡᠷᠡᠭᠰᠡᠯ᠂ ᠠᠷᠠᠰᠤ ᠢᠳᠡᠬᠡᠯᠡᠬᠦ ᠶᠠᠪᠤᠴᠠ᠂ ᠠᠷᠠᠰᠤᠨ ᠬᠤᠪᠴᠠᠰᠤᠨ ᠤ ᠲᠦᠷᠦᠯ ᠵᠦᠢᠯ ᠢ ᠳᠠᠨᠢᠯᠴᠠᠭᠤᠯᠵᠤ ᠲᠠᠢᠯᠪᠤᠷᠢᠯᠠᠬᠤ ᠠᠴᠠ ᠡᠬᠢᠯᠡᠭᠰᠡᠨ ᠪᠠᠢᠨ᠎ᠠ᠃

ᠬᠡᠷ ᠤᠨ ᠠᠬᠠᠮᠠᠳ ᠠᠴᠠ ᠰᠤᠷᠤᠭᠴᠢᠳ ᠲᠤ ᠠᠷᠠᠰᠤᠨ ᠳᠡᠬᠡᠷ᠎ᠡ ᠳᠠᠷᠠᠭ ᠠᠭᠠᠷᠴᠠ ᠲᠦᠷᠬᠢᠵᠦ ᠠᠷᠠᠰᠤ ᠶᠢ ᠵᠦᠬᠡᠯᠡᠷᠡᠬᠦᠯᠬᠦ᠂ ᠠᠷᠠᠰᠤ ᠢᠳᠡᠬᠡᠯᠡᠬᠦ ᠪᠠᠭᠠᠵᠢ ᠬᠡᠷᠡᠭᠰᠡᠯ ᠢ ᠬᠡᠷᠬᠢᠨ ᠬᠡᠷᠡᠭᠯᠡᠬᠦ᠂ ᠬᠤᠷᠠᠭᠠᠨ ᠳᠡᠪᠡᠯ᠂ ᠬᠠᠯᠴᠠᠭᠠᠢ ᠳᠡᠪᠡᠯ᠂ ᠨᠡᠬᠡᠢ ᠳᠡᠪᠡᠯ ᠵᠡᠷᠬᠡ ᠠᠷᠠᠰᠤᠨ ᠳᠡᠪᠡᠯ ᠤᠨ ᠲᠦᠷᠦᠯ ᠵᠦᠢᠯ ᠢ ᠳᠠᠶᠢᠯᠪᠤᠷᠢᠯᠠᠬᠤ ᠶᠢᠨ ᠬᠠᠮᠳᠤ ᠰᠤᠷᠤᠭᠴᠢᠳ ᠤᠨ ᠠᠰᠠᠭᠤᠭᠰᠠᠨ ᠠᠰᠠᠭᠤᠯᠳᠠ ᠶᠢ ᠬᠠᠷᠢᠭᠤᠯᠬᠤ ᠭᠡᠯᠪᠡᠷᠢ ᠪᠠᠷ ᠶᠠᠪᠤᠭᠲᠠᠭᠰᠠᠨ ᠢᠶᠠᠷ ᠶᠡᠭᠡ ᠬᠦᠭᠵᠢᠶᠡᠨ ᠲᠠᠢ ᠪᠤᠯᠤᠭᠰᠠᠨ ᠪᠠᠢᠨ᠎ᠠ᠃ ᠭᠡᠷ ᠤᠨ ᠠᠮᠠᠬᠠᠳ ᠠᠴᠠ ᠠᠷᠠᠰᠤ ᠰᠢᠷᠢ ᠪᠤᠯᠪᠠᠰᠤᠷᠠᠭᠤᠯᠵᠤ ᠡᠳ᠋ᠯᠡᠬᠦ ᠳᠤᠬᠠᠢ ᠠᠭᠤᠯᠭ᠎ᠠ ᠶᠢ ᠨᠠᠷᠢᠨ ᠵᠢᠭᠠᠭᠰᠠᠨ ᠤ ᠲᠠᠷᠠᠭ᠎ᠠ ᠰᠤᠷᠤᠭᠴᠢᠳ ᠲᠠᠷᠠᠭ᠎ᠠ ᠲᠠᠷᠠᠭ᠎ᠠ ᠪᠠᠷ ᠢᠶᠠᠨ ᠲᠦᠷᠦᠭᠳᠡᠯ ᠢᠶᠠᠨ ᠵᠠᠷᠢᠯ᠎ᠠ᠃《ᠠᠷᠠᠰᠦ ᠢᠳᠡᠭᠡᠯᠡᠬᠦ ᠠᠷᠭ᠎ᠠ ᠶᠢ ᠠᠩᠬ᠎ᠠ ᠤᠳᠠᠭ᠎ᠠ ᠨᠢᠳᠦ ᠪᠠᠷ ᠦᠵᠡᠵᠦ ᠭᠠᠷ ᠢᠶᠠᠷ ᠢᠶᠠᠨ ᠬᠢᠵᠦ ᠰᠤᠷᠤᠯ᠎ᠠ᠃ ᠡᠭᠦᠨ ᠢᠶᠠᠷ ᠪᠠᠷᠠᠬᠤ ᠦᠭᠡᠢ᠂ ᠮᠠᠯᠴᠢᠨ ᠡᠵᠢ ᠶᠢᠨ ᠤᠷᠠᠨ ᠭᠠᠷ ᠢᠶᠠᠷ ᠤᠶᠤᠵᠦ ᠤᠷᠠᠯᠠᠭᠰᠠᠨ ᠬᠤᠷᠠᠭᠠᠨ ᠲᠡᠪᠡᠯ ᠨᠢ ᠮᠠᠯ ᠤᠨ ᠠᠰᠢᠭ ᠰᠢᠮ᠎ᠡ ᠠᠴᠠ ᠰᠠᠯᠵᠦ ᠪᠤᠯᠤᠰᠢ ᠦᠭᠡᠢ᠂ ᠨᠡᠩ ᠴᠤ ᠠᠷᠠᠰᠤᠨ ᠡᠳ᠋ᠯᠡᠯ ᠤᠷᠠᠯᠠᠬᠤ ᠰᠢᠷᠭᠠᠭᠤ ᠬᠦᠳᠡᠯᠮᠦᠷᠢ ᠠᠴᠠ ᠰᠠᠯᠵᠦ ᠴᠢᠳᠠᠰᠢ ᠦᠭᠡᠢ ᠭᠡᠰᠡᠨ ᠢ ᠤᠬᠠᠵᠦ᠂ ᠮᠠᠯᠴᠢᠨ ᠡᠵᠢ ᠶᠢᠨ ᠭᠠᠷ ᠤᠷᠠᠨ ᠢ ᠪᠢᠰᠢᠷᠠᠨ ᠪᠠᠭ᠋ᠠᠳᠤᠯ᠎ᠠ᠃ ᠪᠢ ᠮᠠᠨ ᠤ ᠰᠤᠷᠭᠠᠭᠤᠯᠢ ᠶᠢᠨ ᠳᠠᠷᠠᠭᠠᠴᠢ ᠶᠢᠨ ᠬᠦᠳᠡᠯᠭᠡᠭᠡᠨ ᠢ ᠲᠡᠰᠴᠦ ᠶᠠᠳᠠᠨ ᠬᠦᠯᠢᠶᠡᠵᠦ ᠪᠠᠶᠢᠨ᠎ᠠ 》 ᠭᠡᠵᠦ ᠠᠩᠬ᠎ᠠ ᠬᠤᠶᠠᠳᠤᠭᠠᠷ ᠠᠩᠭᠢ ᠶᠢᠨ ᠪᠠᠳᠮᠠᠴᠡᠴᠡᠭ ᠲᠦᠷᠦᠭᠳᠡᠯ ᠢᠶᠠᠨ ᠶᠠᠷᠢᠨ᠎ᠠ᠃ ᠳᠠᠷᠠᠭ᠎ᠠ ᠨᠢ ᠤᠷᠠᠨ ᠰᠠᠶᠢᠬᠠᠨ ᠤ ᠳᠤᠭᠯᠠᠯᠳᠠ ᠵᠠᠪᠤᠭᠳᠠᠪᠠ᠃

ᠳᠤᠭᠯᠠᠯᠳᠠ ᠳᠤ ᠤᠶᠠᠩᠭ᠎ᠠ ᠠᠶᠢᠵᠠᠮ ᠡᠬᠡᠰᠢᠭ ᠲᠠᠢ᠂ ᠤᠷᠠᠨ ᠨᠠᠮᠪᠠᠭᠠᠯᠢᠭ ᠬᠦᠳᠡᠯᠦᠯ ᠲᠠᠢ᠂ ᠬᠦᠯ ᠢᠶᠠᠨ ᠳᠡᠪᠰᠡᠵᠦ ᠮᠦᠷᠤ ᠪᠠᠨ ᠬᠠᠶᠠᠯᠠᠭᠰᠠᠨ ᠤᠷ᠎ᠠ ᠰᠠᠶᠢᠬᠠᠨ ᠤᠨᠴᠠᠯᠢᠭ ᠲᠠᠢ ᠪᠤᠷᠢᠶᠠᠳ ᠶᠤᠬᠤᠷ ᠪᠦᠵᠢᠭ᠂ ᠣᠯᠠᠮᠵᠢᠯᠠᠯᠳᠤ ᠪᠣᠷᠢᠶᠠᠳ ᠬᠤᠪᠴᠠᠰᠤᠨ ᠤ ᠦᠵᠡᠬᠦᠯᠦᠯᠭᠡ᠂ ᠪᠤᠷᠢᠶᠠᠳ ᠠᠷᠠᠳ ᠤᠨ ᠳᠠᠭᠤᠤ᠂《ᠡᠬᠡ ᠬᠡᠯᠡ ᠮᠢᠨᠢ 》ᠬᠡᠰᠡᠨ ᠰᠢᠯᠦᠭ᠂《ᠠᠮᠤᠷ ᠮᠡᠨᠳᠤ 》 ᠬᠠᠮᠳᠤ ᠶᠢᠨ ᠳᠠᠭᠤᠤ ᠵᠡᠷᠬᠡ ᠳᠤᠭᠯᠠᠯᠳᠠ ᠪᠠᠶᠢᠬᠤ ᠠᠴᠠ ᠭᠠᠳᠠᠨ᠎ᠠ ᠪᠠᠭᠰᠢ ᠨᠠᠷ ᠤᠨ ᠬᠤᠪᠴᠠᠰᠤᠨ ᠤ ᠦᠵᠡᠬᠦᠯᠦᠯᠭᠡ ᠪᠤᠯᠤᠨ ᠴᠡᠴᠡᠷᠯᠢᠭ ᠤᠨ ᠬᠡᠤᠬᠡᠳ ᠤᠨ ᠬᠦᠬᠡᠷᠦᠬᠦᠨ ᠳᠤᠭᠯᠠᠯᠳᠠ ᠶᠢ ᠰᠤᠨᠢᠷᠬᠠᠭᠤᠯᠤᠭᠰᠠᠨ ᠪᠠᠢᠨ᠎ᠠ᠃ ᠲᠤᠰ ᠠᠵᠢᠯᠯᠠᠭ᠎ᠠ ᠦᠨᠳᠦᠷᠯᠡᠬᠦ ᠲᠠᠰᠢᠷᠠᠮ ᠢᠶᠠᠷ᠂ ᠳᠠᠭᠤᠴᠢᠨ ᠴᠡᠴᠡᠭᠮ᠎ᠡ ᠡᠬᠡ ᠰᠤᠷᠭᠠᠭᠤᠯᠢ ᠶᠢᠨ ᠢᠶᠠᠨ ᠦᠨᠳᠤᠰᠤᠳᠡᠨ ᠶᠠᠰᠤᠳᠠᠨ ᠤ ᠤᠯᠠᠮᠵᠢᠯᠠᠯᠳᠤ ᠵᠠᠩ ᠰᠤᠶᠤᠯ ᠢ ᠡᠶᠢᠨᠬᠦ ᠰᠠᠶᠢᠬᠠᠨ ᠵᠠᠯᠭᠠᠮᠵᠢᠯᠠᠨ ᠬᠦᠭᠵᠢᠬᠦᠯᠵᠦ ᠪᠠᠶᠢᠭ᠎ᠠ ᠳᠤ ᠰᠡᠳᠬᠢᠯ ᠲᠤᠭᠲᠤᠯᠵᠤ᠂ᠳᠤᠰ ᠰᠤᠷᠭᠠᠭᠤᠯᠢ ᠠᠴᠠ ᠬᠦᠮᠦᠵᠢᠭᠳᠡᠨ ᠭᠠᠷᠤᠭᠰᠠᠨ ᠳᠠᠭᠠᠨ ᠤᠮᠤᠭᠰᠢᠨ ᠪᠠᠶᠠᠷᠯᠠᠵᠤ ᠪᠠᠶᠢᠭ᠎ᠠ ᠰᠡᠳᠬᠢᠯᠬᠡ ᠪᠠᠨ ᠢᠯᠡᠳᠬᠡᠪᠡ᠃ᠮᠦᠨ ᠴᠦ ᠤᠷᠤᠰ ᠤᠨ ᠬᠤᠯᠪᠤᠭᠠᠨ ᠤ ᠪᠦᠭᠦᠳᠡ ᠨᠡᠶᠢᠷᠠᠮᠳᠠᠬᠤ ᠪᠤᠷᠢᠶᠠᠳ ᠤᠯᠤᠰ ᠤᠨ ᠪᠠᠭᠰᠢ ᠨᠠᠷ ᠰᠢᠨᠡᠬᠡᠨ ᠰᠤᠷᠭᠠᠭᠤᠯᠢ ᠶᠢᠨ ᠦᠪ ᠰᠤᠶᠤᠯ ᠢᠶᠠᠨ ᠬᠠᠮᠠᠭᠠᠯᠠᠨ ᠬᠠᠳᠠᠭᠠᠯᠠᠵᠤ ᠪᠠᠶᠢᠭ᠎ᠠ ᠳᠤᠨᠢ ᠪᠢᠰᠢᠷᠠᠨ ᠪᠠᠭ᠋ᠠᠳᠤᠭᠰᠠᠨ ᠰᠡᠳᠬᠢᠯᠬᠡ ᠪᠠᠨ ᠢᠯᠡᠳᠬᠡᠭᠰᠡᠨ ᠪᠠᠶᠢᠨ᠎ᠠ᠃

ᠢᠷᠡᠯᠲᠡ᠄      ᠨᠠᠶᠢᠷᠠᠭᠤᠯᠤᠭᠴᠢ᠄